ᠵᠠᠳᠠᠷᠠᠭᠤᠯᠵᠤ ᠮᠡᠳᠡᠬᠦ ᠲᠤᠯᠠ ᠮᠡᠬᠡᠯᠡᠭᠴᠢ ᠬᠡᠷᠪᠡ ᠲᠠᠨ  ᠤ ᠳᠡᠭᠡᠷᠡᠬᠢ ᠮᠡᠲᠦ ᠶᠢᠨ ᠴᠢᠬᠤᠯᠠ ᠮᠡᠳᠡᠭᠡ ᠵᠠᠩᠭᠢ ᠶᠢ ᠡᠵᠡᠮᠰᠢᠪᠡᠯ᠂ ᠲᠠᠨ ᠳᠤ ᠬᠦᠨᠳᠦ ᠨᠣᠴᠢᠲᠠᠶ ᠬᠤᠬᠢᠷᠠᠯ ᠤᠴᠠᠷᠠᠭᠤᠯᠬᠤ ᠪᠣᠯᠣᠯᠴᠠᠭᠠ ᠲᠠᠢ ᠶᠤᠮ᠃ ᠡᠶᠢᠮᠦ ᠠᠴᠠ ᠰᠢᠯᠵᠢᠮᠡᠯ ᠢᠨᠲ᠋ᠧᠷ ᠰᠦᠯᠵᠢᠶᠡ ᠪᠣᠯᠤᠨ ᠣᠶᠤᠨᠴᠢ ᠲᠥᠬᠦᠭᠡᠷᠦᠮᠵᠢ ᠶᠢ ᠵᠥᠪ ᠢᠶᠠᠷ ᠬᠡᠷᠡᠭᠯᠡᠬᠦ ᠳᠠᠳᠬᠠᠯ ᠢ ᠪᠤᠢ ᠪᠣᠯᠭᠠᠨ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ᠃ ᠨᠢᠭᠡ᠂ ᠬᠡᠷᠡᠭ ᠤᠨ ᠲᠦᠷᠦᠯ ︵ᠨᠢᠭᠡ︶ ᠬᠤᠳᠠᠯ ᠬᠠᠭᠤᠷᠮᠠᠭ ᠡᠯᠧᠺᠲᠷᠣᠨ ᠬᠤᠳᠠᠯᠳᠤᠭᠠ ᠶᠢᠨ ᠦᠢᠯᠡᠴᠢᠯᠡᠭᠡᠨ ᠤ ᠵᠣᠭᠤᠰ ᠪᠤᠴᠠᠭᠠᠬᠤ ᠮᠡᠬᠡᠯᠡᠯ᠃ ᠶᠠᠯᠠᠲᠤ ᠡᠲᠡᠭᠡᠳ ᠰᠦᠯᠵᠢᠶᠡᠨ ᠥᠷᠲᠡᠭᠡ ᠶᠢᠨ ︽ᠦᠢᠯᠡᠴᠢᠯᠡᠭᠴᠢ︾ ᠪᠠᠷ ᠣᠪᠯᠠᠨ ᠪᠠᠷᠠᠭᠠ ᠬᠤᠳᠠᠯᠳᠤᠨ ᠠᠪᠤᠭᠴᠢᠳ ᠲᠤ ᠴᠠᠬᠢᠯᠭᠠᠨ ᠮᠡᠳᠡᠭᠡ ᠢᠷᠡᠭᠦᠯᠵᠦ᠂ ᠥᠪᠡᠷ ᠤᠨ ᠦᠢᠯᠡᠳᠬᠦᠨ